ᠮᠠᠨ ᠤ ᠬᠤᠲᠠ ᠵᠢᠷᠭᠤᠳᠤᠭᠠᠷ ᠬᠤᠭᠤᠴᠠᠭᠠᠨ ᠤ ᠠᠩᠭᠢ ᠶᠢᠨ ᠡᠷᠬᠢᠯᠡᠭᠴᠢ ᠶᠢᠨ ᠶᠠᠷᠢᠶᠠᠨ ᠤ ᠲᠠᠪᠴᠠᠩ ᠵᠢᠴᠢ ᠦᠬᠠᠶ ᠬᠤᠲᠠ ᠶᠢᠨ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠤᠨ ᠳ᠋ᠦᠩᠨᠡᠯᠲᠡ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-05-27
     5 ᠰᠠᠷ᠎ᠠ ᠶᠢᠨ 25 ᠤ ᠡᠳᠦᠷ᠂ ᠵᠢᠷᠭᠤᠳᠤᠭᠠᠷ ᠬᠤᠭᠤᠴᠠᠭᠠᠨ ᠤ ᠠᠩᠭᠢ ᠶᠢᠨ ᠡᠷᠬᠢᠯᠡᠭᠴᠢ ᠶᠢᠨ ᠶᠠᠷᠢᠶᠠᠨ ᠤ ᠲᠠᠪᠴᠠᠩ ᠵᠢᠴᠢ ᠦᠬᠠᠶ ᠬᠤᠲᠠ ᠶᠢᠨ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠤᠨ ᠳ᠋ᠦᠩᠨᠡᠯᠲᠡ ᠶᠢᠨ ᠶᠡᠭᠡ ᠬᠤᠷᠠᠯ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠤᠷᠠᠯᠢᠭ ᠤᠨ ᠣᠷᠳᠣᠨ ᠳᠤ ᠬᠤᠷᠠᠯᠳᠤᠵᠤ᠂ ᠬᠤᠲᠠ᠂ ᠲᠤᠭᠤᠷᠢᠭ ᠬᠤᠶᠠᠷ ᠱᠠᠲᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠺᠠᠳ᠋ᠷ ᠠᠵᠢᠯᠲᠠᠨ᠂ ᠠᠩᠭᠢ ᠶᠢᠨ ᠡᠷᠭᠢᠯᠡᠭᠴᠢ ᠶᠢᠨ ᠲᠥᠯᠥᠭᠡᠯᠡᠭᠴᠢ ᠵᠡᠷᠭᠡ 300 ᠭᠠᠷᠤᠶ ᠬᠥᠮᠦᠨ ᠶᠡᠭᠡ ᠬᠤᠷᠠᠯ ᠳᠤ ᠣᠷᠣᠯᠴᠠᠵᠠᠶ᠃      ᠠᠩᠭᠢ ᠶᠢᠨ ᠡᠷᠬᠢᠯᠡᠭᠴᠢ ᠶᠢᠨ ᠶᠠᠷᠢᠶᠠᠨ ᠤ ᠲᠠᠪᠴᠠᠩ ᠳᠤ ᠡᠩ ᠲᠡᠷᠢᠭᠦᠨ ᠳᠤ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠤᠨ 2019 ᠣᠨ ᠤ ᠪᠣᠯᠪᠠᠰᠤᠷᠠᠯ ᠤᠨ ᠠᠩᠭᠢ ᠶᠢᠨ ᠰᠢᠯᠢᠳᠡᠭ ᠰᠤᠷᠤᠯᠭ᠎ᠠ ᠲᠡᠭᠦᠰᠦᠭᠰᠡᠨ ᠮᠡᠳᠡᠭᠦᠯᠦᠯᠲᠡ ᠶᠢ ᠤᠩᠰᠢᠨ ᠨᠡᠶᠢᠲᠡᠯᠡᠪᠡ᠃ ᠮᠠᠨ ᠤ ᠬᠤᠲᠠ ᠶᠢᠨ ᠭᠤᠷᠪᠠᠨ ᠲᠣᠭᠤᠷᠢᠭ ᠠᠴᠠ ᠢᠷᠡᠭᠰᠡᠨ 7 ᠠᠩᠭᠢ ᠶᠢᠨ ᠡᠷᠬᠢᠯᠡᠭᠴᠢ ᠰᠣᠷᠣᠯᠴᠠᠭᠰᠠᠨ ᠲᠥᠷᠥᠭᠳᠡᠯ ᠢᠶᠠᠨ ᠬᠤᠪᠢᠶᠠᠯᠴᠠᠪᠠ᠃ ᠶᠡᠭᠡ ᠬᠤᠷᠠᠯ ᠤᠨ ᠲᠤᠬᠠᠢ ᠶᠢᠨ ᠲᠠᠯᠠᠪᠠᠢ ᠳᠤ 5 ᠲᠡᠷᠢᠭᠦᠨ ᠤ ᠬᠠᠮᠲᠤ ᠪᠠ 10 ᠰᠢᠯᠢᠳᠡᠭ ᠬᠤᠪᠢ ᠬᠥᠮᠦᠨ ᠤ ᠲᠦᠯᠦᠬᠡᠯᠡᠭᠴᠢ ᠳᠤ ᠱᠠᠩᠨᠠᠯ ᠭᠠᠷᠳᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠷᠭᠠᠭᠤᠯᠢ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠭᠠᠨ ᠬᠥᠮᠦᠵᠢᠯ ᠤᠨ ᠠᠵᠢᠯ ᠤᠨ ᠦᠨᠳᠦᠰᠦᠨ ᠵᠢᠷᠤᠮᠯᠠᠯ ᠪᠣᠯᠭᠠᠵᠤ᠂ ᠶᠣᠰᠣ ᠰᠤᠷᠲᠠᠬᠤᠨ ᠢ ᠪᠣᠶ ᠪᠣᠯᠭᠠᠨ ᠬᠥᠮᠦᠨ ᠢ ᠬᠥᠮᠦᠵᠢᠭᠦᠯᠬᠦ ᠠᠵᠢᠯ ᠤᠨ ᠦᠨᠳᠦᠰᠦᠨ ᠡᠭᠦᠷᠭᠡ ᠪᠣᠯᠭᠠᠵᠤ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠰᠤᠷᠭᠠᠨ ᠬᠥᠮᠦᠵᠢᠯ ᠤᠨ ᠠᠵᠢᠯ ᠤᠨ ᠪᠠᠲᠤ ᠪᠠᠬᠢ ᠰᠠᠭᠤᠷᠢ ᠪᠣᠯᠭᠠᠵᠤ᠂ ᠶᠠᠰᠤ ᠴᠢᠨᠠᠷ ᠢ ᠳᠡᠭᠡᠭᠰᠢᠯᠡᠭᠦᠯᠬᠦ ᠶᠢ ᠰᠤᠷᠭᠠᠨ ᠬᠥᠮᠦᠵᠢᠯ ᠤᠨ ᠠᠵᠢᠯ ᠤᠨ ᠭᠤᠣᠯ ᠱᠠᠭᠠᠷᠳᠠᠯᠭ᠎ᠠ ᠪᠣᠯᠭᠠᠵᠤ᠂ ᠦᠷᠭᠡᠨ ᠤᠯᠠᠨ ᠪᠠᠭᠰᠢ ᠶᠢ ᠨᠠᠷᠢᠨ ᠬᠢᠨᠠᠮᠠᠭᠠᠢ ᠰᠤᠷᠤᠯᠴᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠢᠯ ᠤᠨ ᠪᠠᠶᠢᠷᠢ ᠪᠠᠨ ᠬᠠᠶᠢᠷᠠᠯᠠᠵᠤ ᠦᠢᠯᠡᠰ ᠢᠶᠠᠨ ᠳᠡᠭᠡᠳᠦᠯᠡᠵᠦ᠂ ᠰᠤᠷᠤᠭᠴᠢᠳ ᠢ ᠬᠠᠶᠢᠷᠠᠯᠠᠨ ᠬᠠᠯᠠᠮᠵᠢᠯᠠᠵᠤ᠂ ᠦᠢᠯᠡ ᠠᠵᠢᠯᠯᠠᠭ᠎ᠠ ᠪᠠᠷ  ᠢᠶᠠᠨ ᠬᠡᠪ ᠳᠠᠭᠤᠷᠢᠶᠠᠯ ᠪᠤᠯᠵᠤ᠂ ᠠᠷᠢᠭᠤᠨ ᠴᠢᠬᠡᠴᠢ ᠪᠠᠷ ᠰᠤᠷᠭᠠᠨ ᠬᠥᠮᠦᠵᠢᠯ ᠡᠷᠬᠢᠯᠡᠬᠦ ᠬᠡᠷᠡᠭᠲᠡᠢ ᠭᠡᠵᠦ ᠵᠣᠷᠢᠭᠵᠢᠭᠤᠯᠪᠠ᠃ ︽ᠮᠢᠩᠭᠠᠨ ᠨᠡᠷᠡᠰ ᠠᠩᠭᠢ ᠶᠢᠨ ᠡᠷᠬᠢᠯᠡᠭᠴᠢ ᠶᠢᠨ ᠪᠤᠯᠪᠠᠰᠣᠷᠠᠯ ᠤᠨ ᠢᠨᠵᠧᠨᠧᠷᠢᠩ︾ ᠢ 2017 ᠣᠨ ᠤ 5 ᠰᠠᠷ᠎ᠠ ᠶᠢᠨ 10 ᠤ ᠡᠳᠦᠷ ᠠᠴᠠ ᠡᠬᠢᠯᠡᠨ ᠬᠡᠷᠡᠭᠵᠢᠭᠦᠯᠵᠦ᠂ 3 ᠵᠢᠯ ᠬᠡᠷᠡᠭᠰᠡᠵᠦ᠂ 1005 ᠠᠩᠭᠢ ᠶᠢᠨ ᠡᠷᠬᠢᠯᠡᠭᠴᠢ ᠪᠣᠯᠪᠠᠰᠤᠷᠠᠯ ᠳᠤ ᠣᠷᠣᠯᠴᠠᠵᠤ ᠰᠤᠷᠤᠯᠭ᠎ᠠ ᠲᠡᠭᠦᠰᠪᠡ᠃ ᠪᠦᠬᠦ᠋ᠢᠯᠡ ᠪᠣᠯᠪᠠᠰᠤᠷᠠᠯ ᠢ ᠭᠤᠣᠯ ᠰᠡᠳᠦᠪᠲᠦ ᠲᠠᠶᠢᠯᠤᠮᠵᠢ᠂ ᠠᠵᠢᠯ ᠤᠨ ᠪᠠᠶᠢᠷᠢ ᠪᠠᠨ ᠳᠠᠭᠠᠵᠤ ᠰᠤᠳᠤᠯᠤᠨ ᠰᠣᠷᠣᠯᠴᠠᠬᠤ᠂ ᠦᠢᠯᠡᠳᠦᠯᠭᠡ ᠪᠠᠷ ᠡᠷᠭᠢᠴᠡᠭᠦᠯᠦᠨ ᠪᠤᠳᠤᠬᠤ᠂ ᠦᠷ᠎ᠡ ᠪᠦᠲᠦᠭᠡᠯ ᠢᠶᠠᠨ ᠬᠤᠪᠢᠶᠠᠯᠴᠠᠨ ᠡᠳ᠋ᠯᠡᠬᠦ ᠵᠡᠷᠭᠡ 4 ᠬᠡᠰᠡᠭ ᠬᠤᠪᠢᠶᠠᠪᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map