ᠬᠠᠶᠢᠷᠤᠪ ᠤᠨ ᠲᠤᠬᠤᠢ ᠳᠣᠭᠤᠷᠢᠭ ᠤᠨ ᠨᠠᠮ ᠤᠨ ᠬᠤᠷᠢᠶᠠᠨ ᠤ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ 2020 ᠤᠨ ᠤ ᠲᠡᠭᠡᠷ᠎ᠡ ᠬᠠᠭᠠᠰ ᠵᠢᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-08-13
     ᠤᠶᠢᠷ᠎ᠠ ᠶᠢᠨ ᠡᠳᠦᠷ᠂ ᠬᠠᠶᠢᠷᠤᠪ ᠤᠨ ᠲᠤᠬᠤᠢ ᠳᠣᠭᠤᠷᠢᠭ ᠤᠨ ᠨᠠᠮ ᠤᠨ ᠬᠤᠷᠢᠶᠠᠨ ᠤ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ 2020 ᠤᠨ ᠤ ᠲᠡᠭᠡᠷ᠎ᠡ ᠬᠠᠭᠠᠰ ᠵᠢᠯ ᠤᠨ ᠠᠵᠢᠯ ᠤᠨ ᠬᠤᠷᠠᠯ ᠬᠤᠷᠠᠯᠳᠤᠭᠤᠯᠪᠠ᠃      ᠬᠠᠶᠢᠷᠤᠪ ᠤᠨ ᠲᠤᠬᠤᠢ ᠳᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠬᠦᠨ᠂ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ᠂ ᠳᠣᠭᠤᠷᠢᠭ  ᠤᠨ ᠨᠠᠮ ᠤᠨ ᠬᠤᠷᠢᠶᠠᠨ ᠤ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ ᠤᠨ ᠳᠠᠷᠤᠭ᠎ᠠ ᠵᠠᠩ ᠮᠢᠩ ᠯᠢᠶᠠᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠪᠠ᠃ ᠬᠤᠷᠠᠯ ᠳᠡᠭᠡᠷ᠎ᠡ᠂ ᠳᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ᠂ ᠳᠣᠭᠤᠷᠢᠭ ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠲᠤᠭᠤᠷᠢᠭ ᠤᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠲᠤᠭᠤᠷᠢᠭ ᠤᠨ ᠠᠷᠠᠳ ᠤᠨ ᠰᠢᠭᠦᠬᠦ ᠬᠤᠷᠢᠶ᠎ᠠ᠂ ᠲᠤᠭᠤᠷᠢᠭ ᠤᠨ ᠠᠷᠠᠤᠡ ᠤᠨ ᠪᠠᠶᠢᠴᠠᠭᠠᠬᠤ ᠬᠤᠷᠢᠶ᠎ᠠ ᠂ ᠲᠤᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ᠂ ᠲᠤᠭᠤᠷᠢᠭ ᠤᠨ ᠭᠢᠨᠠᠡ ᠪᠤᠳᠤᠬᠤ ᠲᠣᠪᠴᠢᠶ᠎ᠠ ᠲᠤᠰ ᠪᠦᠷᠢ 2020 ᠤᠨ ᠤ 1 — 6 ᠰᠠᠷ᠎ᠠ ᠶᠢᠨ ᠢᠯᠵᠢᠷᠠᠯ ᠢ ᠡᠰᠡᠷᠭᠦᠴᠡᠬᠦ ᠪᠤᠷᠤ ᠲᠦᠯᠦᠪ ᠤᠨ ᠲᠤᠲᠤᠷ᠎ᠠ ᠬᠤᠯᠪᠤᠭᠳᠠᠯ ᠪᠦᠬᠦᠢ ᠠᠵᠢᠯ ᠦᠷᠨᠢᠭᠦᠯᠦᠭᠰᠡᠨ ᠪᠠᠶᠢᠳᠠᠯ ᠢᠶᠠᠨ ᠮᠡᠳᠡᠭᠳᠡᠪᠡ᠃ ᠬᠤᠷᠠᠯ ᠠᠴᠠ ᠪᠠᠰᠠ ︽ᠬᠠᠶᠢᠷᠤᠪ ᠤᠨ ᠲᠤᠬᠤᠢ ᠳᠣᠭᠤᠷᠢᠭ ᠤᠨ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠳᠣᠭᠤᠢᠢᠯᠠᠩ ᠤᠨ ᠪᠦᠷᠢᠯᠳᠦᠬᠦᠨ ᠢ ᠲᠤᠬᠢᠷᠠᠭᠤᠯᠬᠤ ᠲᠤᠬᠠᠢ ᠰᠠᠨᠠᠯ︾ ᠢ ᠪᠠᠲᠤᠯᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠳᠣᠭᠤᠷᠢᠭ ᠤᠨ ᠨᠠᠮ ᠤᠨ ᠬᠤᠷᠢᠶᠠᠨ ᠤ ᠨᠢᠭᠡᠲᠤᠯᠲᠠᠢ ᠤᠳᠣᠷᠢᠳᠣᠯᠭ᠎ᠠ ᠲᠤᠤᠷ᠎ᠠ᠂ ᠮᠠᠨ ᠤ ᠲᠤᠭᠤᠷᠢᠭ ᠤᠨ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠠᠵᠢᠯ ᠲᠠᠰᠤᠷᠠᠯᠲᠠ ᠦᠭᠡᠢ ᠴᠢᠩᠭᠠᠷᠠᠵᠤ᠂ ᠲᠣᠪᠣᠶᠢᠮ᠎ᠠ ᠦᠷ᠎ᠡ ᠪᠦᠲᠤᠮᠵᠢ ᠤᠯᠵᠠᠢ᠃ ᠡᠭᠦᠨ ᠤ ᠬᠠᠮᠲᠤ 2020 ᠤᠨ ᠤ ᠲᠡᠭᠡᠷ᠎ᠡ ᠬᠠᠭᠠᠰ ᠵᠢᠯ ᠤᠨ ᠢᠯᠵᠢᠷᠠᠯ ᠢ ᠡᠰᠡᠷᠭᠦᠴᠡᠬᠦ ᠠᠵᠢᠯ ᠳᠤ ᠲᠤᠭᠢᠷᠠᠭᠤᠯᠤᠯᠳᠡ ᠬᠢᠪᠡ᠄ ᠨᠢᠭᠡ ᠳᠤ᠂ ᠢᠯᠵᠢᠷᠠᠯ ᠢ ᠡᠰᠡᠷᠭᠦᠴᠡᠬᠦ ᠠᠵᠢᠯ ᠲᠤᠮᠳᠠ ᠠᠯᠬᠤᠮ ᠲᠠᠷᠠᠭ᠎ᠠ ᠲᠠᠢ᠂ ᠶᠤᠰᠤ ᠳᠥᠷᠢᠮ ᠲᠠᠢ᠂ ᠱᠠᠭᠠᠷᠳᠠᠯᠭ᠎ᠠ ᠪᠠᠷ ᠴᠢᠩᠭ᠎ᠠ ᠶᠠᠪᠤᠭᠳᠠᠭᠤᠯᠵᠤ᠂ ᠣᠷᠭᠢᠭᠳᠠᠭᠰᠠᠨ  ᠵᠦᠢᠯ ᠭᠠᠷᠬᠤ ᠠᠴᠠ ᠵᠠᠶᠢᠯᠠᠰᠭᠢᠵᠤ᠂ ᠬᠡᠷᠡᠭ  ᠵᠠᠷᠭᠤ ᠶᠢ ᠴᠠᠭ ᠲᠤᠬᠠᠢ ᠳᠤᠨᠢ ᠰᠢᠯᠵᠢᠬᠦᠯᠦᠨ ᠬᠦᠷᠭᠡᠵᠤ᠂ ᠵᠠᠯᠬᠠᠭᠠᠨ ᠰᠢᠳᠭᠡᠬᠦ ᠶᠢ ᠪᠤᠳᠠᠳᠠᠶᠢᠵᠢᠭᠤᠯᠬᠤ ᠶᠢ ᠪᠠᠲᠤᠯᠠᠬᠤ ᠬᠡᠷᠡᠭᠲᠡᠢ᠃ ᠬᠤᠶᠠᠷ ᠲᠤ᠂ ᠡᠯ᠎ᠡ ᠪᠦᠷᠢᠯᠳᠦᠭᠦᠨ ᠨᠢᠭᠡᠴᠡ ᠦᠷᠬᠦᠯᠵᠢᠯᠠᠠ ᠨᠡᠪᠳᠡᠷᠡᠯᠴᠡᠭᠡ ᠵᠤᠬᠢᠴᠠᠭᠤᠯᠭ᠎ᠠ ᠪᠠᠨ ᠴᠢᠩᠭᠠᠳᠬᠠᠵᠤ᠂ ᠬᠠᠷᠢᠯᠴᠠᠭᠴᠢ  ᠶᠢᠨ ᠳᠦᠷᠢᠮ ᠢ ᠪᠠᠶᠢᠭᠤᠯᠵᠤ᠂ ᠮᠡᠳᠡᠭᠡ ᠵᠠᠩᠬᠢ ᠶᠢ ᠡᠳ᠋ᠯᠡᠬᠦ ᠲᠤᠭᠳᠠᠴᠠ ᠪᠠᠨ ᠤᠯᠠᠮ ᠨᠢᠬᠡ ᠠᠯᠬᠤᠮ ᠲᠡᠭᠦᠯᠳᠠᠷᠵᠢᠭᠦᠯᠵᠤ᠂ ᠬᠡᠷᠡᠭ ᠰᠢᠢᠳᠪᠦᠷᠢᠯᠡᠬᠦ ᠦᠷ᠎ᠡ ᠪᠦᠲᠦᠮᠵᠢ ᠪᠠᠨ ᠲᠡᠭᠡᠭᠰᠢᠯᠡᠭᠦᠯᠬᠦ ᠬᠡᠷᠡᠭᠳᠡᠢ ᠬᠡᠵᠡᠢ᠃      ᠬᠤᠷᠠᠯ ᠤᠨ ᠴᠢᠬᠤᠯᠠᠴᠢᠯᠠᠭᠰᠠᠨ ᠨᠢ᠂ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠠᠵᠢᠯ ᠤᠨ ᠡᠭᠦᠷᠭᠡ ᠬᠦᠨᠳᠦ ᠶᠡᠭᠡ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠶᠢᠯᠳᠤᠬᠤ ᠪᠤᠳᠤᠯᠭ᠎ᠠ ᠶᠢᠨ ᠶᠡᠭᠡ ᠲᠠᠯ᠎ᠠ ᠳᠤ ᠬᠤᠯᠪᠤᠭᠳᠠᠵᠤ᠂ ᠪᠦᠬᠦ ᠲᠤᠭᠤᠷᠢᠭ ᠤᠨ ᠢᠯᠵᠢᠷᠠᠯ ᠢ ᠡᠰᠡᠷᠭᠦᠴᠡᠬᠦ ᠦᠷ᠎ᠠ ᠪᠦᠳᠣᠮᠵᠢ ᠵᠢᠴᠢ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠠᠵᠢᠯ ᠤᠨ ᠶᠡᠭᠡ ᠲᠠᠯ᠎ᠠ ᠳᠤ ᠬᠤᠯᠪᠤᠭᠳᠠᠵᠤ᠂ ᠡᠯ᠎ᠡ ᠪᠦᠷᠢᠯᠳᠦᠭᠦᠨ ᠨᠢᠭᠡᠴᠡ ᠡᠷᠭᠡᠪᠰᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠤᠷᠤᠡ ᠪᠠ ᠬᠤᠲᠠ ᠶᠢᠨ ᠨᠠᠮ ᠤᠨ ᠬᠤᠷᠢᠶ᠎ᠠ᠂ ᠳᠣᠭᠤᠷᠢᠭ ᠤᠨ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠳᠠ ᠶᠢ ᠡᠷᠬᠡᠪᠰᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠳᠦᠷᠪᠡᠨ ᠤᠬᠠᠮᠰᠠᠷ︾ ᠢᠶᠠᠨ ᠤᠯᠠᠮ ᠨᠢᠬᠡ ᠠᠯᠬᠤᠮ ᠴᠢᠩᠭᠠᠳᠬᠠᠵᠤ᠂ ᠤᠯᠤᠰ ᠲᠦᠷᠦ ᠶᠢᠨ ᠵᠤᠭᠰᠣᠴᠠ ᠪᠠᠨ ᠳᠡᠭᠡᠭᠰᠢᠯᠡᠭᠦᠯᠵᠦ᠂ ᠳᠣᠭᠤᠷᠢᠭ ᠤᠨ ᠨᠠᠮ ᠤᠨ ᠬᠤᠷᠢᠶᠠᠨ  ᠤ ᠨᠢᠭᠡᠲᠤᠯᠲᠠᠢ ᠤᠳᠣᠷᠢᠳᠣᠯᠭ᠎ᠠ ᠲᠤᠤᠷ᠎ᠠ᠂ ᠭᠠᠷ ᠬᠤᠯᠪᠣᠨ ᠮᠦᠷᠦ ᠵᠡᠷᠭᠡᠴᠡᠵᠤ᠂ ᠬᠠᠮᠵᠢᠯᠴᠠᠨ ᠪᠠᠶᠢᠯᠳᠤᠵᠤ᠂ ᠳᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠵᠤ᠂ ᠢᠯᠵᠢᠷᠠᠯ ᠢ ᠡᠰᠡᠷᠭᠦᠴᠡᠬᠦ ᠶᠢ ᠵᠤᠬᠢᠴᠠᠭᠤᠯᠬᠤ ᠶᠣᠰᠣ ᠳᠦᠷᠢᠮ ᠤᠨ ᠳᠠᠪᠠᠭᠤᠯᠢᠭ ᠲᠠᠯ᠎ᠠ ᠪᠠᠨ ᠢᠯᠵᠢᠷᠠᠯ ᠢ ᠡᠰᠡᠷᠭᠦᠴᠡᠬᠦ ᠲᠡᠮᠡᠴᠡᠯ ᠤᠨ ᠪᠤᠲᠠᠲᠤ ᠦᠷ᠎ᠡ ᠪᠦᠲᠦᠮᠵᠢ ᠪᠤᠯᠭᠠᠨ ᠬᠤᠪᠢᠷᠠᠭᠤᠯᠵᠤ᠂ ᠪᠦᠬᠦ ᠲᠤᠭᠤᠷᠢᠭ ᠤᠨ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠢᠯᠵᠢᠷᠠᠯ ᠢ ᠡᠰᠡᠷᠭᠦᠴᠡᠬᠦ ᠲᠡᠮᠡᠴᠡᠯ ᠢ ᠲᠦᠯᠬᠢᠨ ᠠᠬᠢᠭᠤᠯᠬᠤ ᠳᠤ ᠵᠤᠬᠢᠬᠤ ᠬᠤᠪᠢ ᠨᠡᠮᠡᠷᠢ ᠪᠠᠨ ᠦᠵᠡᠬᠦᠯᠬᠦ ᠬᠡᠷᠡᠭᠳᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map