︽ᠠᠶᠢᠯ ᠪᠣᠯᠭᠠᠨ ᠵᠣᠯ ᠵᠢᠷᠭᠠᠯ ᠲᠠᠢ ᠠᠮᠤᠷ ᠠᠮᠤᠭᠤᠯᠠᠩ ᠢᠨᠵᠧᠨᠧᠷᠢᠩ︾ ᠂ ︽ᠡᠴᠢᠭᠡ ᠡᠬᠡ ᠶᠢᠨ ᠦᠰᠦᠨ | ᠪᠤᠶᠢᠵᠢᠬᠤ ᠲᠥᠯᠥᠪᠯᠡᠭᠡ︾ ᠶᠢ ᠬᠡᠷᠡᠭᠵᠢᠭᠦᠯᠵᠦ᠂ ᠮᠠᠨ ᠤ ᠬᠤᠲᠠ ᠶᠢᠨ ᠦᠨᠳᠦᠰᠦᠨ ᠱᠠᠲᠤᠨ ᠳᠤ ᠬᠥᠭᠵᠢᠶᠡᠨᠲᠡᠶ ᠭᠡᠷ | ᠪᠦᠯᠢ ᠶᠢᠨ ᠰᠤᠷᠭᠠᠨ ᠬᠥᠮᠦᠵᠢᠯ ᠤᠨ ᠵᠢᠯᠤᠭᠤᠳᠬᠤ ᠦᠢᠯᠡᠴᠢᠯᠡᠭᠡᠨ ᠤ ᠭᠤᠤᠯᠯᠠᠭᠴᠢ ᠡᠩᠨᠡᠭᠡ ᠪᠠᠶᠢᠭᠤᠯᠬᠤ ᠶᠢ ᠤᠯᠠᠮ | ᠨᠢᠭᠡ ᠠᠯᠬᠤᠮ ᠨᠠᠶᠢᠳᠠᠪᠤᠷᠢᠵᠢᠭᠤᠯᠬᠤ ᠶᠢᠨ ᠲᠥᠯᠥᠭᠡ ᠂ 8 ᠰᠠᠷ᠎ᠠ ᠶᠢᠨ 27 ᠤ ᠡᠳᠦᠷ᠂ ᠪᠥᠬᠦ ᠬᠤᠲᠠ ᠶᠢᠨ ︽ | ᠵᠣᠯ ᠵᠢᠷᠭᠠᠯ ᠲᠠᠢ ᠠᠮᠤᠷ ᠠᠮᠤᠭᠤᠯᠠᠩ︾ ᠬᠡᠷ ᠪᠦᠯᠢ ᠶᠢᠨ ᠬᠥᠮᠦᠵᠢᠯ ᠤᠨ ᠭᠤᠤᠯᠯᠠᠭᠴᠢ ᠪᠠᠭᠰᠢ ᠶᠢᠨ | ᠪᠣᠯᠪᠠᠰᠤᠷᠠᠯ ᠤᠨ ᠠᠩᠭᠢ ᠵᠢᠩᠬᠢᠨᠢ ᠪᠠᠷ ᠡᠬᠢᠯᠡᠪᠡ᠃ ᠬᠤᠲᠠ᠂ ᠲᠣᠭᠤᠷᠢᠭ ᠤᠨ ᠬᠡᠷ ᠪᠦᠯᠢ ᠶᠢᠨ ᠰᠣᠷᠭᠠᠨ | ᠬᠥᠮᠦᠵᠢᠯ ᠤᠨ ᠠᠵᠢᠯ ᠬᠢᠵᠦ ᠪᠠᠶᠢᠭ᠎ᠠ ᠭᠤᠤᠯᠯᠠᠭᠴᠢ᠂ ᠬᠡᠷ ᠪᠦᠯᠢ ᠶᠢᠨ ᠰᠤᠷᠭᠠᠨ ᠬᠥᠮᠦᠵᠢᠯ ᠤᠨ ᠨᠡᠶᠢᠭᠡᠮ ᠤᠨ | ᠠᠵᠢᠯᠲᠠᠨ ᠵᠡᠷᠭᠡ 60 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃ | ᠲᠣᠰ ᠤᠳᠠᠭᠠᠨ ᠤ ᠪᠣᠯᠪᠠᠰᠤᠷᠠᠯ ᠤᠨ ᠠᠩᠭᠢ ᠪᠤᠭᠤᠲᠤ ᠬᠤᠲᠠ ᠶᠢᠨ ᠪᠠᠶᠠᠷ ᠬᠥᠷ ᠲᠠᠢ ᠭᠡᠷ ᠪᠦᠯᠢ ᠶᠢᠨ | ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠶᠢᠨ ᠵᠠᠬᠢᠷᠤᠯ ᠯᠢ ᠬᠤᠩ ᠰᠢᠶᠠ ᠪᠠᠭᠰᠢ ᠶᠢ ᠤᠷᠢᠵᠤ | ᠲᠠᠶᠢᠯᠤᠮᠵᠢ ᠬᠢᠯᠬᠡᠪᠡ᠃ ᠪᠣᠯᠪᠠᠰᠤᠷᠠᠯ ᠨᠢ ︽ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠤᠨ ᠴᠢᠬᠤᠯᠠ ᠠᠴᠢ | ᠬᠤᠯᠪᠣᠭᠳᠠᠯ ᠵᠢᠴᠢ ᠵᠠᠩᠭᠢᠯᠠᠭ᠎ᠠ ᠶᠢᠨ ᠣᠶᠢᠯᠠᠭᠠᠭᠳᠠᠬᠤᠨ︾ ︽ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯ ᠤᠨ | ᠭᠤᠣᠯ ᠠᠭᠤᠯᠭ᠎ᠠ ᠪᠠ ᠵᠣᠷᠢᠯᠭ᠎ᠠ︾ ︽ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯᠲᠠᠨ ᠤ ᠪᠦᠷᠢᠯᠳᠦᠭᠦᠯᠬᠦ | ᠴᠢᠬᠤᠯᠠᠲᠠᠶ ᠦᠨᠳᠦᠰᠦᠨ ᠣᠨᠣᠯ ᠤᠨ ᠮᠡᠳᠡᠯᠭᠡ︾ ︽ᠭᠡᠷ ᠪᠦᠯᠢ ᠶᠢᠨ ᠰᠤᠷᠭᠠᠨ ᠬᠥᠮᠦᠵᠢᠯ ᠤᠨ ᠠᠵᠢᠯᠲᠠᠨ ᠤ | ᠪᠦᠷᠢᠯᠳᠦᠭᠦᠯᠬᠦ ᠴᠢᠬᠤᠯᠠᠳᠠᠢ ᠮᠡᠷᠭᠡᠵᠢᠯ ᠴᠢᠳᠠᠪᠤᠷᠢ︾ ᠵᠡᠷᠭᠡ ᠳᠥᠷᠪᠡᠨ ᠲᠠᠯ᠎ᠠ ᠠᠴᠠ ᠲᠠᠶᠢᠯᠤᠮᠵᠢ ᠬᠢᠵᠦ᠂ ᠬᠢᠯᠪᠠᠷ | ᠣᠶᠢᠯᠠᠭᠠᠮᠵᠢᠲᠠᠶ ᠦᠭᠡ ᠬᠡᠯᠡ᠂ ᠳᠦᠷᠰᠦᠯᠢᠭ ᠮᠥᠴᠢ ᠶᠢᠨ ᠬᠥᠳᠡᠯᠦᠯ᠂ ᠱᠤᠭ ᠶᠦᠮᠦᠷᠯᠢᠭ ᠦᠯᠢᠭᠡᠷ ᠨᠢ ᠬᠥᠮᠦᠨ | ᠨᠢᠭᠡᠪᠦᠷᠢ ᠶᠢ ᠨᠥᠯᠥᠭᠡᠯᠡᠵᠦ᠂ ᠲᠤᠬᠠᠶ ᠶᠢᠨ ᠲᠠᠯᠠᠪᠠᠢ ᠶᠢᠨ ᠰᠤᠷᠤᠭᠴᠢᠳ ᠲᠠᠢ ᠳᠣᠲᠣᠨᠣ ᠪᠠᠷ ᠶᠠᠷᠢᠯᠴᠠᠵᠤ᠂ ᠭᠡᠷ | ᠪᠦᠯᠢ ᠶᠢᠨ ᠦᠵᠡᠭᠳᠡᠯ ᠢ ᠲᠤᠬᠠᠢ ᠶᠢᠨ ᠲᠠᠯᠠᠪᠤᠷ ᠲᠤ ᠢᠯᠡᠷᠡᠭᠦᠯᠪᠡ᠃ ᠪᠣᠯᠪᠠᠰᠤᠷᠠᠯ ᠳᠤ ᠣᠷᠣᠯᠴᠠᠭᠰᠠᠨ ᠪᠠᠭᠰᠢ | ᠨᠠᠷᠢᠨ ᠬᠢᠨᠠᠮᠠᠭᠠᠶ ᠰᠣᠨᠣᠰᠬᠤ ᠶᠢᠨ ᠬᠠᠮᠲᠤ ᠭᠡᠷ ᠪᠦᠯᠢ ᠶᠢᠨ ᠰᠤᠷᠭᠠᠨ ᠬᠥᠮᠦᠵᠢᠯ ᠤᠨ ᠳᠤᠮᠳᠠ ᠢᠯᠡᠷᠡᠭᠰᠡᠨ | ᠠᠰᠠᠭᠤᠳᠠᠯ ᠲᠠᠢ ᠤᠶᠠᠯᠳᠤᠭᠤᠯᠤᠨ ᠲᠤᠬᠠᠢ ᠶᠢᠨ ᠲᠠᠯᠠᠪᠤᠷ ᠤᠨ ᠰᠣᠯᠢᠯᠴᠠᠭ᠎ᠠ ᠬᠢᠵᠦ᠂ ᠪᠣᠯᠪᠠᠰᠤᠷᠠᠯ ᠤᠨ ᠲᠠᠯᠠᠪᠠᠢ ᠶᠢᠨ | ᠠᠭᠤᠷ ᠠᠮᠢᠰᠬᠤᠯ ᠬᠦᠷ ᠬᠥᠭᠵᠢᠶᠡᠨ ᠲᠠᠢ ᠪᠠᠶᠢᠯ᠎ᠠ᠃ ᠪᠣᠯᠪᠠᠰᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ | ᠲᠠᠶᠢᠯᠤᠮᠵᠢ ᠶᠢᠨ ᠠᠭᠤᠯᠭ᠎ᠠ ᠡᠯᠪᠡᠭ ᠪᠠᠶᠠᠯᠢᠭ᠂ ᠣᠯᠤᠯᠲᠠ ᠮᠠᠰᠢ ᠶᠡᠭᠡ᠂ ᠰᠢᠨ᠎ᠡ ᠮᠡᠳᠡᠯᠭᠡ ᠰᠤᠷᠴᠤ᠂ ᠰᠢᠨ᠎ᠡ | ᠬᠠᠷᠠᠭ᠎ᠠ ᠪᠠᠨ ᠥᠷᠭᠡᠳᠬᠡᠵᠦ᠂ ᠰᠢᠨ᠎ᠡ ᠰᠡᠳᠬᠢᠴᠡ ᠪᠠᠨ ᠥᠷᠭᠡᠳᠬᠡᠵᠡᠶ᠃ ᠰᠤᠷᠤᠭᠰᠠᠨ ᠢᠶᠠᠨ ᠠᠵᠢᠯ ᠤᠨ | ᠦᠢᠯᠡᠳᠦᠯᠭᠡ ᠳᠤᠮᠳᠠ ᠪᠠᠨ ᠬᠡᠷᠡᠭᠯᠡᠵᠦ᠂ ᠮᠠᠨ ᠤ ᠬᠤᠲᠠ ᠶᠢᠨ ᠭᠡᠷ ᠪᠦᠯᠢ ᠶᠢᠨ ᠰᠤᠷᠭᠠᠨ ᠬᠦᠮᠦᠵᠢᠯ ᠤᠨ ᠠᠵᠢᠯ ᠢ | ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ ᠬᠡᠵᠡᠢ᠃ | ᠡᠨᠡ ᠤᠳᠠᠭᠠᠨ ᠤ ᠪᠣᠯᠪᠠᠰᠤᠷᠠᠯ ᠤᠨ ᠠᠵᠢᠯᠯᠠᠭ᠎ᠠ ᠪᠠᠷ ᠳᠠᠮᠵᠢᠨ᠂ ᠮᠠᠨ ᠤ ᠬᠤᠲᠠ ᠶᠢᠨ ᠭᠡᠷ ᠪᠦᠯᠢ ᠶᠢᠨ | ᠰᠤᠷᠭᠠᠨ ᠬᠥᠮᠦᠵᠢᠯ ᠤᠨ ᠭᠤᠤᠯᠯᠠᠭᠴᠢ ᠪᠠᠭᠰᠢ ᠶᠢᠨ ᠲᠤᠰᠬᠠᠶ ᠮᠡᠷᠭᠡᠵᠢᠯ ᠤᠨ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠵᠦ᠂ ᠪᠠᠭᠰᠢ ᠶᠢᠨ ᠰᠤᠷᠭᠠᠭᠤᠯᠢ ᠶᠢᠨ ᠬᠢᠴᠢᠶᠡᠯ ᠣᠷᠣᠬᠤ ᠬᠢᠷᠢ ᠲᠦᠪᠰᠢᠨ ᠢ ᠲᠠᠰᠤᠷᠠᠯᠲᠠ ᠤᠢᠭᠡᠢ | ᠳᠡᠭᠡᠭᠰᠢᠯᠡᠭᠦᠯᠵᠤ᠂ ᠳᠠᠷᠠᠭ᠎ᠠ ᠠᠯᠬᠤᠮ ᠳᠤ ᠰᠤᠷᠤᠭᠴᠢ ᠶᠢᠨ ᠭᠡᠷ ᠤᠨ ᠠᠬᠠᠮᠠᠳ ᠲᠤ ᠨᠠᠩ ᠰᠠᠶᠢᠨ ᠭᠡᠷ ᠪᠦᠯᠢ ᠶᠢᠨ | ᠬᠥᠮᠦᠵᠢᠯ ᠤᠨ ᠵᠢᠯᠤᠭᠤᠲᠤᠯᠭ᠎ᠠ ᠪᠠ ᠦᠢᠯᠡᠴᠢᠯᠡᠭᠡ ᠬᠠᠩᠭᠠᠵᠤ᠂ ᠬᠡᠷ ᠪᠦᠯᠢ ᠶᠢᠨ ᠰᠤᠷᠭᠠᠨ ᠬᠥᠮᠦᠵᠢᠯ ᠤᠨ ᠳᠤᠮᠳᠠᠬᠢ | ᠬᠦᠴᠢᠷ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠬᠡᠷ ᠤᠨ ᠠᠬᠠᠮᠠᠳ ᠤᠨ ᠦᠷ᠎ᠡ ᠬᠡᠤᠬᠡᠳ ᠢᠶᠠᠨ ᠰᠤᠷᠭᠠᠨ | ᠬᠥᠮᠦᠵᠢᠭᠦᠯᠬᠦ ᠴᠢᠳᠠᠪᠤᠷᠢ ᠶᠢ ᠲᠡᠭᠡᠭᠰᠢᠯᠡᠬᠦᠯᠬᠦ ᠳᠤ ᠬᠦᠴᠦᠲᠡᠶ ᠪᠠᠭᠰᠢ ᠶᠢᠨ ᠡᠩᠨᠡᠭᠡᠨ ᠤ ᠪᠠᠲᠤᠯᠠᠭ᠎ᠠ ᠬᠠᠩᠭᠠᠬᠤ | ᠪᠤᠯᠤᠨ᠎ᠠ᠃ |