ᠲᠠᠩ ᠢ ᠵᠢᠶᠠᠨ ᠯᠦᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠭᠴᠢ ᠵᠠᠩ ᡁᠢ ᠰᠢᠶᠠᠩ ᠨᠠᠷ ᠲᠠᠢ ᠠᠭᠤᠯᠵᠠᠵᠤ᠂ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠰᠣᠯᠢᠯᠴᠠᠭ᠎ᠠ ᠵᠥᠪᠳᠡᠯᠴᠡᠭᠡ ᠶᠢ ᠠᠬᠢᠭᠤᠯᠬᠤ ᠲᠤᠬᠠᠢ ᠵᠥᠪᠳᠡᠯᠴᠡᠪᠡ
ᠨᠡᠶᠢᠲᠡᠯᠡᠭᠰᠡᠨ ᠴᠠᠭ᠄
2021/11/19
     11 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠪᠡᠭᠡᠵᠢᠩ ᠤᠨ ᠵᠢᠶᠠᠨ ᠯᠦᠩ ᠬᠦᠨᠳᠦ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠵᠠᠬᠢᠷᠤᠭᠴᠢ ᠵᠠᠩ ᡁᠢ ᠰᠢᠶᠠᠩ ᠨᠠᠷ ᠲᠠᠢ ᠠᠭᠤᠯᠵᠠᠵᠤ᠂ ᠬᠤᠶᠠᠷ ᠲᠠᠯ᠎ᠠ ᠪᠠᠷ ᠢᠶᠠᠨ ᠣᠷᠣᠨ ᠨᠤᠲᠤᠭ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠬᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠰᠠᠨᠠᠯ ᠢᠶᠠᠨ ᠰᠣᠯᠢᠯᠴᠠᠵᠤ ᠵᠥᠪᠳᠡᠯᠴᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ᠂ ᠬᠤᠲᠠ ᠶᠢᠨ ᠤᠳᠤᠷᠢᠳᠤᠯᠭ᠎ᠠ ᠵᠢᠶᠠ ᠴᠢᠩ ᠳ᠋ᠦᠩ᠂ ᠰᠦᠨ ᠬᠤᠤ᠂ ᠯᠢ ᠴᠦᠨ ᠰᠢᠶᠤᠤ᠂ ᠸᠠᠩ ᠵᠢᠶ ᠫᠢᠩ ᠠᠭᠤᠯᠵᠠᠯᠲᠠ ᠳᠤ ᠣᠷᠣᠯᠴᠠᠪᠠ᠃      ᠲᠠᠩ ᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠡᠮᠦᠨ᠎ᠡ ᠠᠴᠠ ᠵᠠᠩ ᡁᠢ ᠰᠢᠶᠠᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠵᠢᠶᠠᠨ ᠯᠦᠩ ᠪᠦᠯᠦᠭᠯᠡᠯ ᠤᠨ ᠣᠯᠤᠭᠰᠠᠨ ᠬᠥᠭᠵᠢᠯᠲᠡ ᠠᠮᠵᠢᠯᠲᠠ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠪᠡ᠃ ᠲᠡᠷᠡ ᠬᠡᠯᠡᠭᠰᠡᠨ ᠨᠢ᠂ ᠦᠬᠠᠢ ᠬᠤᠳᠠ ᠰᠠᠶᠢᠨ ᠰᠠᠶᠢᠬᠠᠨ ᠬᠥᠭᠵᠢᠯᠲᠡ ᠶᠢᠨ ᠰᠠᠭᠤᠷᠢ ᠲᠠᠢ᠂ ᠡᠬᠢ ᠪᠠᠶᠠᠯᠢᠭ ᠤᠨ ᠳᠠᠪᠠᠭᠤᠯᠢᠭ᠂ ᠣᠷᠣᠨ ᠪᠦᠰᠡ ᠶᠢᠨ ᠳᠠᠪᠠᠭᠤᠯᠢᠭ᠂ ᠬᠤᠵᠢᠭᠤ ᠬᠥᠭᠵᠢᠬᠦ ᠳᠠᠪᠠᠭᠤᠯᠢᠭ ᠲᠠᠢ ᠶᠤᠮ᠂ ᠢᠯᠠᠩᠭᠤᠶ᠎ᠠ ᠤᠢᠢᠷ᠎ᠠ ᠶᠢᠨ ᠵᠢᠯ ᠳᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ ᠶᠢ ᠲᠠᠭᠠᠯᠳᠤᠨ᠂ ᠦᠬᠠᠢ ᠬᠤᠳᠠ ᠶᠢᠨ ᠦᠷᠢᠰᠦᠯᠳᠦᠬᠦ ᠬᠦᠴᠦᠨ ᠤᠯᠠᠮ ᠴᠢᠨᠠᠭᠰᠢᠳᠠ ᠳᠡᠭᠡᠭᠰᠢᠯᠡᠵᠦ᠂ ᠤᠢᠢᠷ᠎ᠠ ᠶᠢᠨ ᠬᠤᠭᠤᠴᠠᠭᠠᠨ ᠳᠤ ᠨᠡᠶᠢᠲᠡᠯᠡᠭᠰᠡᠨ ︽ᠳᠤᠮᠳᠠᠳᠤ ᠤᠯᠤᠰ ᠤᠨ ᠬᠤᠳᠠ ᠶᠢᠨ ᠦᠷᠢᠰᠦᠯᠳᠦᠬᠦ ᠬᠦᠴᠦᠨ ᠤ ᠮᠡᠳᠡᠭᠦᠯᠦᠯᠲᠡ︾ ᠳᠤ᠂ ᠦᠬᠠᠢ ᠬᠤᠳᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠬᠤᠶᠠᠳᠤᠭᠠᠷ ᠲᠤ ᠵᠢᠭᠰᠠᠭᠠᠭᠳᠠᠪᠠ᠃ ᠣᠳᠣᠬᠠᠨ ᠳᠤ᠂ ᠦᠬᠠᠢ ᠬᠤᠳᠠ ᠶᠢᠨ ᠬᠢᠨ ᠬᠤᠳᠠ ᠶᠢᠨ ᠨᠠᠢᠮᠠᠳᠤᠭᠠᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠲᠣᠭᠲᠠᠭᠠᠭᠰᠠᠨ ᠬᠥᠭᠵᠢᠯᠲᠡ ᠶᠢᠨ ᠰᠡᠳᠬᠢᠴᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠨᠡᠭᠦᠷᠡᠰᠦᠨ ᠤ ᠠᠵᠤ ᠦᠢᠯᠡᠰ ᠢ ᠨᠡᠶᠢᠳᠬᠡᠵᠦ ᠲᠠᠬᠢᠨ ᠵᠣᠬᠢᠶᠠᠨ ᠪᠠᠶᠢᠭᠤᠯᠬᠤ ᠶᠢ ᠪᠦᠬᠦ ᠬᠦᠴᠦᠨ ᠢᠶᠠᠷ ᠠᠬᠢᠭᠤᠯᠵᠤ ᠪᠠᠶᠢᠨ᠎ᠠ᠂ ᠡᠨᠡ ᠨᠢ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠬᠦ ᠳᠤ ᠠᠵᠠ ᠲᠣᠬᠢᠶᠠᠯ ᠣᠯᠭᠤᠵᠤ᠂ ᠲᠠᠪᠴᠠᠩ ᠬᠠᠩᠭᠠᠭᠰᠠᠨ ᠪᠠᠶᠢᠨ᠎ᠠ᠃ ᠵᠢᠶᠠᠨ ᠯᠦᠩ ᠪᠦᠯᠦᠭᠯᠡᠯ ᠤᠨ ᠬᠢᠨ ᠦᠬᠠᠢ ᠶᠢᠨ ᠬᠥᠭᠵᠢᠯᠲᠡ ᠶᠢᠨ ᠰᠡᠳᠬᠢᠴᠡ ᠪᠠᠷ ᠭᠤᠣᠯᠳᠠᠭᠤᠯᠵᠤ᠂ ᠬᠤᠶᠠᠷ ᠲᠠᠯ᠎ᠠ ᠶᠢᠨ ᠬᠤᠯᠪᠣᠭᠳᠠᠯ ᠪᠦᠬᠦᠢ ᠬᠦᠷᠢᠶᠡᠨ ᠳᠠᠬᠢ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ᠃ ᠦᠬᠠᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠠᠵᠤ ᠠᠬᠤᠶᠢᠯᠠᠯ ᠳᠤ ᠦᠢᠯᠡᠴᠢᠯᠡᠭᠡᠨ ᠤ ᠪᠠᠲᠤᠯᠠᠭ᠎ᠠ ᠪᠠᠨ ᠦᠨᠡᠨ ᠰᠡᠳᠬᠢᠯ ᠠᠴᠠ ᠪᠠᠨ ᠰᠠᠶᠢᠲᠤᠷ ᠬᠢᠵᠦ᠂ ᠬᠤᠶᠠᠷ ᠲᠠᠯ᠎ᠠ ᠶᠢᠨ ᠬᠢᠨ ᠤ ᠨᠡᠩ ᠥᠨᠳᠥᠷ ᠲᠡᠰ ᠳᠠᠪᠬᠤᠷᠭ᠎ᠠ᠂ ᠨᠡᠩ ᠥᠷᠭᠡᠨ ᠬᠦᠷᠢᠶᠡᠨ ᠳᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃      ᠵᠠᠩ ᡁᠢ ᠰᠢᠶᠠᠩ ᠤᠷᠳᠤ ᠬᠤᠭᠤᠴᠠᠭᠠᠨ ᠤ ᠲᠤᠷᠰᠢ ᠦᠬᠠᠢ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠠᠵᠤ ᠠᠬᠤᠶᠢᠯᠠᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠭᠡᠶᠢᠯᠡᠭᠰᠡᠨ ᠨᠢ᠂ ᠦᠬᠠᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠴᠢᠭᠯᠡᠯ ᠲᠠᠢ ᠨᠢᠭᠲᠠ ᠤᠶᠠᠯᠳᠤᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠦᠬᠠᠢ ᠲᠠᠢ ᠨᠢᠭᠲᠠ ᠬᠠᠮᠲᠤᠷᠠᠯᠴᠠᠵᠤ᠂ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠭᠠᠵᠠᠷ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠦᠵᠡᠭᠦᠯᠪᠡᠰᠦ ᠵᠣᠬᠢᠬᠤ ᠬᠤᠪᠢ ᠨᠡᠮᠡᠷᠢ ᠪᠠᠨ ᠦᠵᠡᠭᠦᠯᠦᠨ᠎ᠡ ᠭᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map