2023 ᠣᠨ ᠤ ᠦᠬᠠᠢ ᠬᠤᠲᠠ ᠶᠢᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ︽ᠤᠯᠠᠭᠠᠨ ᠬᠠᠷ᠎ᠠ ᠨᠡᠷᠡᠰ︾ ᠢ ᠨᠡᠶᠢᠲᠡᠯᠡᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/1
     ︽ᠦᠨᠡᠨᠴᠢ ᠢᠲᠡᠭᠡᠮᠵᠢ ᠶᠢ ᠮᠠᠭᠲᠠᠨ ᠰᠠᠶᠢᠰᠢᠶᠠᠬᠤ︾ ︽ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢᠶᠠᠨ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 31 ᠤ ᠡᠳᠦᠷ᠂ ᠮᠠᠨ ᠤ ᠬᠤᠳᠠ 2023 ᠣᠨ ᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ︽ᠤᠯᠠᠭᠠᠨ ᠬᠠᠷ᠎ᠠ ᠨᠡᠷᠡᠰ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠪᠦᠬᠦ ᠬᠤᠳᠠ ᠶᠢᠨ ᠢᠲᠡᠭᠡᠮᠵᠢ ᠶᠢᠨ ᠬᠠᠮᠲᠤᠷᠠᠭᠰᠠᠨ ᠱᠠᠩᠨᠠᠵᠤ ᠲᠣᠷᠭᠠᠬᠤ ᠠᠵᠢᠯ ᠤᠨ ᠠᠬᠢᠴᠠ ᠶᠢᠨ ᠪᠠᠶᠢᠳᠠᠯ ᠪᠣᠯᠣᠨ ︽ᠤᠯᠠᠭᠠᠨ ᠬᠠᠷ᠎ᠠ ᠨᠡᠷᠡᠰ︾ ᠤᠨ ᠮᠡᠳᠡᠭᠡ ᠵᠠᠩᠭᠢ ᠶᠢ ᠨᠡᠶᠢᠲᠡᠯᠡᠭᠰᠡᠨ ᠪᠠᠶᠢᠳᠠᠯ ᠢᠶᠠᠨ ᠮᠡᠳᠡᠭᠳᠡᠬᠦ ᠶᠢᠨ ᠬᠠᠮᠲᠤ ᠮᠠᠨ ᠤ ᠬᠤᠳᠠ ᠶᠢᠨ ᠭᠤᠣᠯᠳᠠᠯᠭ᠎ᠠ ᠲᠠᠢ ᠬᠦᠷᠢᠶᠡᠨ ᠤ ᠢᠲᠡᠭᠡᠮᠵᠢ ᠶᠢᠨ ︽ᠤᠯᠠᠭᠠᠨ ᠬᠠᠷ᠎ᠠ ᠨᠡᠷᠡᠰ︾ ᠢ ᠨᠡᠶᠢᠲᠡᠯᠡᠪᠡ᠃      ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠵᠡᠷᠭᠡ ᠣᠯᠠᠨ ᠭᠤᠣᠯᠳᠠᠯᠭ᠎ᠠ ᠲᠠᠢ ᠬᠦᠷᠢᠶᠡᠨ ᠳᠠᠬᠢ ᠢᠲᠡᠭᠡᠮᠵᠢ ᠶᠢᠨ ︽ᠤᠯᠠᠭᠠᠨ ᠬᠠᠷ᠎ᠠ ᠨᠡᠷᠡᠰ︾ ᠢ ᠨᠡᠶᠢᠲᠡᠯᠡᠭᠰᠡᠨ ᠨᠢᠭᠡᠴᠡ ᠲᠣᠰ ᠲᠣᠰ ᠤᠨ ᠠᠵᠢᠯ ᠲᠥᠷᠥᠯ ᠤᠨ ᠢᠶᠠᠨ ︽ᠤᠯᠠᠭᠠᠨ ᠬᠠᠷ᠎ᠠ ᠨᠡᠷᠡᠰ︾ ᠢ ᠨᠡᠶᠢᠲᠡᠯᠡᠭᠰᠡᠨ ᠪᠥᠭᠡᠳ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ᠣᠶᠢᠯᠠᠭᠠᠭᠰᠠᠨ ᠢᠶᠠᠷ᠂ ᠲᠣᠰ ᠤᠳᠠᠭᠠᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠨᠡᠶᠢᠲᠡ 1759 ︽ᠤᠯᠠᠭᠠᠨ ᠨᠡᠷᠡᠰ︾ ᠢ ᠨᠡᠶᠢᠲᠡᠯᠡᠵᠦ᠂ 474 ︽ᠬᠠᠷ᠎ᠠ ᠨᠡᠷᠡᠰ︾ ᠢ ᠨᠡᠶᠢᠲᠡᠯᠡᠪᠡ᠃ 2015 ᠣᠨ ᠠᠴᠠ ᠨᠠᠰᠢ᠂ ᠮᠠᠨ ᠤ ᠬᠤᠲᠠ ︽ᠤᠯᠠᠭᠠᠨ ᠬᠠᠷ᠎ᠠ ᠨᠡᠷᠡᠰ︾ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠢ 9 ᠤᠳᠠᠭ᠎ᠠ ᠬᠤᠷᠠᠯᠳᠤᠭᠤᠯᠵᠤ᠂ ᠨᠡᠶᠢᠲᠡ 7695 ︽ᠤᠯᠠᠭᠠᠨ ᠬᠠᠷ᠎ᠠ ᠨᠡᠷᠡᠰ︾ ᠢ ᠨᠡᠶᠢᠲᠡᠯᠡᠪᠡ᠃      ᠮᠠᠨ ᠤ ᠬᠤᠲᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠠᠵᠢᠯ ᠢᠶᠠᠨ ᠦᠷᠭᠦᠯᠵᠢᠯᠡᠨ ᠠᠬᠢᠭᠤᠯᠵᠤ᠂ ᠪᠥᠬᠦ ᠤᠯᠤᠰ ᠤᠨ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠦᠭᠡᠢ ᠪᠠᠬᠢᠵᠢᠭᠦᠯᠵᠦ᠂ ᠠᠵᠤ ᠠᠬᠤᠶᠢᠯᠠᠯ ᠤᠨ ᠬᠠᠤᠯᠢ ᠲᠣᠭᠲᠠᠭᠠᠯ ᠶᠣᠰᠣᠭᠠᠷ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠶᠢ ᠬᠥᠲᠥᠯᠥᠨ ᠵᠢᠯᠤᠭᠤᠳᠴᠤ᠂ ᠬᠤᠲᠠ ᠶᠢᠨ ᠠᠷᠠᠳ ᠢ ᠬᠥᠲᠥᠯᠥᠨ ᠵᠢᠯᠤᠭᠤᠳᠴᠤ ᠪᠠᠶᠢᠭᠠᠳ ᠢᠲᠡᠭᠡᠮᠵᠢ ᠶᠢ ᠬᠦᠨᠳᠦᠳᠬᠡᠨ ᠠᠮᠠᠯᠠᠯᠲᠠ ᠪᠠᠨ ᠰᠠᠬᠢᠬᠤ ᠤᠬᠠᠮᠰᠠᠷ ᠢ ᠨᠢ ᠴᠢᠩᠭᠠᠷᠠᠭᠤᠯᠵᠤ᠂ ︽ᠢᠲᠡᠭᠡᠮᠵᠢ ᠲᠠᠢ ᠪᠠᠶᠢᠪᠠᠯ ᠠᠰᠢᠭ ᠣᠯᠬᠤ᠂ ᠢᠲᠡᠭᠡᠯ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠤᠯᠤᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号
Baidu
map